Хаах
ᠡᠯᠴᠢᠨ ᠰᠠᠶᠢᠳ ᠨᠠᠷ᠂ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠲᠥᠯᠥᠭᠡᠯᠡᠯ ᠲᠡᠢ ᠠᠭᠤᠯᠵᠠᠯᠲᠠ ᠬᠢᠯ᠎ᠡ
​​​​​​​ᠮᠣᠩᠭᠣᠯ ᠤᠯᠤᠰ ᠤᠨ ᠵᠠᠰᠠᠭ ᠤᠨ ᠭᠠᠵᠠᠷ ᠤᠨ 2024 ᠣᠨ ᠤ 205 ᠳ᠋ᠤᠭᠠᠷ ᠲᠣᠭᠲᠠᠭᠠᠯ ᠢᠶᠠᠷ ᠵᠢᠯ ᠪᠦᠷᠢ ᠶᠢᠨ 07 ᠳ᠋ᠤᠭᠠᠷ ᠰᠠᠷ᠎ᠠ ᠶᠢᠨ 03 ᠍ ᠤ ᠡᠳᠦᠷ ᠢ 《ᠲᠥᠷᠥ ᠶᠢᠨ ᠠᠯᠪᠠᠨ ᠤ ᠡᠳᠦᠷ》 ᠲᠡᠮᠳᠡᠭᠯᠡᠯᠲᠦ ᠡᠳᠦᠷ ᠪᠣᠯᠭᠠᠨ ᠰᠢᠢᠳᠪᠦᠷᠢᠯᠡᠭᠰᠡᠨ᠃ ᠲᠡᠮᠳᠡᠭᠯᠡᠯᠲᠦ ᠡᠳᠦᠷ ᠢ ᠲᠣᠬᠢᠶᠠᠯᠳᠤᠭᠤᠯᠤᠨ ᠮᠣᠩᠭᠣᠯ ᠤᠯᠤᠰ ᠤᠨ ᠲᠥᠷᠥ ᠶᠢᠨ ᠠᠯᠪᠠᠨ ᠤ ᠵᠥᠪᠯᠡᠯ᠂ ᠶᠣᠰᠣ ᠵᠦᠢ ᠶᠢᠨ ᠬᠣᠷᠢᠶᠠᠨ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ᠂ ᠮᠣᠩᠭᠣᠯ ᠳᠠᠬᠢ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠰᠠᠭᠤᠷᠢᠨ ᠲᠥᠯᠥᠭᠡᠯᠡᠭᠴᠢ ᠨᠠᠷ ᠲᠠᠢ ᠠᠭᠤᠯᠵᠠᠯᠲᠠ ᠵᠣᠬᠢᠶᠠᠨ ᠪᠠᠶᠢᠭᠤᠯᠪᠠ᠃