Хаах

ᠡᠯᠴᠢᠨ ᠰᠠᠶᠢᠳ ᠨᠠᠷ᠂ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠲᠥᠯᠥᠭᠡᠯᠡᠯ ᠲᠡᠢ ᠠᠭᠤᠯᠵᠠᠯᠲᠠ ᠬᠢᠯ᠎ᠡ

A- A A+
ᠡᠯᠴᠢᠨ ᠰᠠᠶᠢᠳ ᠨᠠᠷ᠂ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠲᠥᠯᠥᠭᠡᠯᠡᠯ ᠲᠡᠢ ᠠᠭᠤᠯᠵᠠᠯᠲᠠ ᠬᠢᠯ᠎ᠡ

ᠮᠣᠩᠭᠣᠯ ᠤᠯᠤᠰ ᠤᠨ ᠵᠠᠰᠠᠭ ᠤᠨ ᠭᠠᠵᠠᠷ ᠤᠨ 2024 ᠣᠨ ᠤ 205 ᠳ᠋ᠤᠭᠠᠷ ᠲᠣᠭᠲᠠᠭᠠᠯ ᠢᠶᠠᠷ ᠵᠢᠯ ᠪᠦᠷᠢ ᠶᠢᠨ 07 ᠳ᠋ᠤᠭᠠᠷ ᠰᠠᠷ᠎ᠠ ᠶᠢᠨ 03 ᠍ ᠤ ᠡᠳᠦᠷ ᠢ 《ᠲᠥᠷᠥ ᠶᠢᠨ ᠠᠯᠪᠠᠨ ᠤ ᠡᠳᠦᠷ》 ᠲᠡᠮᠳᠡᠭᠯᠡᠯᠲᠦ ᠡᠳᠦᠷ ᠪᠣᠯᠭᠠᠨ ᠰᠢᠢᠳᠪᠦᠷᠢᠯᠡᠭᠰᠡᠨ᠃ ᠲᠡᠮᠳᠡᠭᠯᠡᠯᠲᠦ ᠡᠳᠦᠷ ᠢ ᠲᠣᠬᠢᠶᠠᠯᠳᠤᠭᠤᠯᠤᠨ ᠮᠣᠩᠭᠣᠯ ᠤᠯᠤᠰ ᠤᠨ ᠲᠥᠷᠥ ᠶᠢᠨ ᠠᠯᠪᠠᠨ ᠤ ᠵᠥᠪᠯᠡᠯ᠂ ᠶᠣᠰᠣ ᠵᠦᠢ ᠶᠢᠨ ᠬᠣᠷᠢᠶᠠᠨ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ᠂ ᠮᠣᠩᠭᠣᠯ ᠳᠠᠬᠢ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠰᠠᠭᠤᠷᠢᠨ ᠲᠥᠯᠥᠭᠡᠯᠡᠭᠴᠢ ᠨᠠᠷ ᠲᠠᠢ ᠠᠭᠤᠯᠵᠠᠯᠲᠠ ᠵᠣᠬᠢᠶᠠᠨ ᠪᠠᠶᠢᠭᠤᠯᠪᠠ᠃

ᠠᠭᠤᠯᠵᠠᠯᠲᠠ ᠶᠢ ᠨᠡᠭᠡᠭᠡᠵᠦ ᠮᠣᠩᠭᠣᠯ ᠤᠯᠤᠰ ᠤᠨ ᠲᠥᠷᠥ ᠶᠢᠨ ᠠᠯᠪᠠᠨ ᠤ ᠵᠥᠪᠯᠡᠯ ᠦᠨ ᠳᠠᠷᠤᠭ᠎ᠠ ᠯ ∙ ᠼᠧᠳᠡᠪᠰᠦ᠋ᠷᠦᠩ ᠬᠡᠯᠡᠭᠰᠡᠨ ᠦᠭᠡᠨ ᠳᠦ ᠪᠡᠨ 《ᠠᠯᠤᠰ ᠤᠨ ᠬᠠᠷᠠᠭ᠎ᠠ 2050》 ᠮᠣᠩᠭᠣᠯ ᠤᠯᠤᠰ ᠤᠨ ᠬᠥᠭᠵᠢᠯ ᠦᠨ ᠪᠣᠳᠣᠯᠭ᠎ᠠ ᠳᠤ ᠴᠢᠳᠠᠪᠤᠷᠢᠯᠢᠭ᠂ ᠶᠣᠰᠣ ᠵᠦᠢ ᠲᠡᠢ᠂ ᠮᠡᠷᠭᠡᠰᠢᠭᠰᠡᠨ ᠲᠥᠷᠥ ᠶᠢᠨ ᠠᠯᠪᠠ ᠶᠢ ᠲᠥᠯᠦᠪᠰᠢᠭᠦᠯᠬᠦ ᠵᠣᠷᠢᠯᠭ᠎ᠠ ᠲᠠᠯᠪᠢᠭᠰᠠᠨ᠃ ᠤᠯᠤᠰ ᠣᠷᠣᠨ ᠤ ᠲᠥᠷᠥ ᠶᠢᠨ ᠠᠯᠪᠠ ᠬᠡᠳᠦᠢ ᠴᠢᠨᠡᠭᠡᠨ ᠲᠣᠭᠲᠠᠪᠤᠷᠢᠲᠠᠢ᠂ ᠮᠡᠷᠭᠡᠰᠢᠭᠰᠡᠨ᠂ ᠤᠯᠤᠰ ᠲᠥᠷᠥ ᠡᠴᠡ ᠬᠠᠷᠠᠭᠠᠲᠤ ᠪᠤᠰᠤ᠂ ᠴᠢᠳᠠᠪᠤᠷᠢᠯᠢᠭ ᠪᠠᠶᠢᠨ᠎ᠠ ᠲᠤᠬᠠᠢ ᠶᠢᠨ ᠤᠯᠤᠰ ᠤᠨ ᠨᠡᠶᠢᠭᠡᠮ᠂ ᠡᠳ᠋ ᠍ ᠦᠨ ᠵᠠᠰᠠᠭ᠂ ᠤᠯᠤᠰ ᠲᠥᠷᠥ ᠶᠢᠨ ᠬᠦᠷ᠎ᠡ ᠶᠢ ᠬᠠᠮᠤᠷᠤᠭᠰᠠᠨ ᠥᠭᠡᠷᠡᠴᠢᠯᠡᠯᠲᠡ᠂ ᠰᠢᠨᠡᠴᠢᠯᠡᠯ ᠦᠨ ᠦᠷ᠎ᠡ ᠳᠦᠩ ᠲᠡᠳᠦᠢ ᠴᠢᠨᠡᠭᠡᠨ ᠰᠠᠶᠢᠵᠢᠷᠠᠳᠠᠭ ᠭᠡᠵᠦ ᠦᠵᠡᠳᠡᠭ᠃ ᠮᠣᠩᠭᠣᠯ ᠤᠯᠤᠰ ᠤᠨ ᠲᠥᠷᠥ ᠶᠢᠨ ᠠᠯᠪᠠᠨ ᠤ ᠰᠢᠨᠡᠴᠢᠯᠡᠯ ᠦᠨ ᠦᠶ᠎ᠡ ᠱᠠᠲᠤ ᠶᠢ ᠠᠮᠵᠢᠯᠲᠠ ᠲᠠᠢ ᠬᠡᠷᠡᠭᠵᠢᠭᠦᠯᠬᠦ ᠳᠦ ᠲᠠ ᠪᠦᠬᠦᠨ ᠦ ᠰᠠᠶᠢᠨ ᠲᠤᠷᠰᠢᠯᠭ᠎ᠠ᠂ ᠦᠷ᠎ᠡ ᠳᠦᠩ᠂ ᠳᠡᠮᠵᠢᠯᠭᠡ᠂ ᠬᠠᠮᠲᠤ ᠶᠢᠨ ᠠᠵᠢᠯᠯᠠᠭ᠎ᠠ ᠪᠠᠨ ᠲᠤᠶᠢᠯ ᠤᠨ ᠴᠢᠬᠤᠯᠠ ᠪᠠᠶᠢᠭ᠎ᠠ ᠶᠢ ᠣᠨᠴᠠᠯᠠᠨ ᠲᠡᠮᠳᠡᠭᠯᠡᠯ᠎ᠡ᠃

 

ᠶᠣᠰᠣ ᠵᠦᠢ ᠶᠢᠨ ᠬᠣᠷᠢᠶᠠᠨ ᠤ ᠳᠠᠷᠤᠭ᠎ᠠ ᠼ ∙ ᠠᠮᠤᠷᠲᠡᠭᠦᠰ ᠮᠣᠩᠭᠣᠯ ᠤᠯᠤᠰ ᠲᠥᠷᠥ ᠶᠢᠨ ᠠᠯᠪᠠᠨ ᠬᠠᠭᠠᠭᠴᠢᠳ ᠤᠨ ᠢᠶᠠᠨ ᠶᠣᠰᠣ ᠵᠦᠢ ᠶᠢᠨ ᠠᠰᠠᠭᠤᠳᠠᠯ ᠳᠤ ᠠᠩᠬᠠᠷᠴᠤ᠂ ᠪᠡᠶ᠎ᠡ ᠳᠠᠭᠠᠭᠰᠠᠨ ᠬᠠᠤᠯᠢ ᠪᠣᠯᠤᠨ ᠲᠥᠷᠥ ᠶᠢᠨ ᠠᠯᠪᠠᠨ ᠬᠠᠭᠠᠭᠴᠢ ᠶᠢ ᠶᠣᠰᠣ ᠵᠦᠢ ᠶᠢᠨ ᠵᠥᠷᠢᠴᠡᠯ ᠡᠴᠡ ᠤᠷᠢᠳᠴᠢᠯᠠᠨ ᠰᠡᠷᠭᠡᠶᠢᠯᠡᠬᠦ᠂ ᠰᠣᠶᠣᠨ ᠭᠡᠭᠡᠷᠡᠭᠦᠯᠬᠦ ᠦᠨᠳᠦᠰᠦᠨ ᠦ ᠬᠥᠲᠥᠯᠪᠦᠷᠢ ᠶᠢ ᠪᠠᠲᠤᠯᠠᠨ ᠮᠥᠷᠳᠡᠭᠦᠯᠵᠦ ᠪᠠᠶᠢᠨ᠎ᠠ᠃ ᠲᠥᠷᠥ ᠶᠢᠨ ᠠᠯᠪᠠᠨ ᠳᠤ ᠶᠣᠰᠣ ᠵᠦᠢ᠂ ᠰᠢᠳᠤᠷᠭᠤ ᠪᠠᠶᠢᠳᠠᠯ ᠢ ᠪᠦᠷᠢᠨ ᠨᠤᠲᠤᠭᠰᠢᠭᠤᠯᠬᠤ ᠳᠤ ᠶᠣᠰᠣ ᠵᠦᠢ ᠶᠢᠨ ᠬᠣᠷᠢᠶ᠎ᠠ ᠠᠩᠬᠠᠷᠴᠤ᠂ ᠤᠳᠤᠷᠢᠳᠴᠤ ᠠᠵᠢᠯᠯᠠᠨ᠎ᠠ ᠭᠡᠪᠡ᠃

ᠲᠥᠷᠥ ᠶᠢᠨ ᠠᠯᠪᠠᠨ ᠤ ᠵᠥᠪᠯᠡᠯ ᠦᠨ ᠭᠡᠰᠢᠭᠦᠨ ᠳ ∙ ᠪᠠᠭᠠᠲᠤᠷᠰᠠᠶᠢᠬᠠᠨ 《ᠲᠥᠷᠥ ᠶᠢᠨ ᠠᠯᠪᠠᠨ ᠤ ᠰᠢᠨᠡᠳᠬᠡᠯ᠂ ᠦᠢᠯᠡ ᠶᠠᠪᠤᠴᠠ᠂ ᠦᠷ᠎ᠡ ᠳᠦᠩ》 ᠰᠡᠳᠦᠪ ᠢᠶᠡᠷ᠂ ᠶᠣᠰᠣ ᠵᠦᠢ ᠶᠢᠨ ᠬᠣᠷᠢᠶᠠᠨ ᠤ ᠭᠡᠰᠢᠭᠦᠨ᠂ ᠳ᠋ᠣᠺᠲ᠋ᠣᠷ ᠱ ∙ ᠪᠠᠲᠤᠰᠦ᠋ᠬᠡ 《ᠲᠥᠷᠥ ᠶᠢᠨ ᠠᠯᠪᠠᠨ ᠬᠠᠭᠠᠭᠴᠢ ᠶᠢᠨ ᠶᠣᠰᠣ ᠵᠦᠢ ᠶᠢᠨ ᠲᠤᠬᠠᠢ ᠬᠠᠤᠯᠢ ᠲᠣᠭᠲᠠᠭᠠᠮᠵᠢ》 ᠰᠡᠳᠦᠪ ᠢᠶᠡᠷ ᠮᠡᠳᠡᠭᠡᠯᠡᠯ ᠥᠭᠴᠦ᠂ ᠬᠡᠯᠡᠯᠴᠡᠭᠦᠯᠭᠡ ᠥᠷᠨᠢᠭᠦᠯᠦᠯ᠎ᠡ᠃

ᠠᠭᠤᠯᠵᠠᠯᠲᠠ ᠬᠡᠯᠡᠯᠴᠡᠭᠦᠯᠭᠡ ᠳᠦ 20 ᠭᠠᠷᠤᠢ ᠤᠯᠤᠰ ᠤᠨ ᠡᠯᠴᠢᠨ ᠰᠠᠶᠢᠳ᠂ ᠣᠯᠠᠨ ᠤᠯᠤᠰ ᠤᠨ ᠪᠠᠶᠢᠭᠤᠯᠤᠯᠭ᠎ᠠ ᠶᠢᠨ ᠰᠠᠭᠤᠷᠢᠨ ᠲᠥᠯᠥᠭᠡᠯᠡᠭᠴᠢ᠂ ᠲᠥᠷᠥ ᠶᠢᠨ ᠪᠤᠰᠤ ᠪᠠᠶᠢᠭᠤᠯᠤᠯᠭ᠎ᠠ ᠶᠢᠨ ᠲᠥᠯᠥᠭᠡᠯᠡᠯ ᠣᠷᠣᠯᠴᠠᠨ ᠰᠠᠨᠠᠯ ᠬᠡᠯᠡᠵᠦ᠂ ᠪᠠᠶᠢᠷᠢ ᠰᠠᠭᠤᠷᠢ ᠪᠠᠨ ᠢᠯᠡᠷᠬᠡᠶᠢᠯᠡᠯ᠎ᠡ᠃ ᠲᠤᠬᠠᠶᠢᠯᠠᠪᠠᠯ᠂ ᠲᠥᠷᠥ ᠶᠢᠨ ᠠᠯᠪᠠᠨ ᠬᠠᠭᠠᠭᠴᠢ ᠶᠢᠨ ᠦᠢᠯᠡ ᠠᠵᠢᠯᠯᠠᠭᠠᠨ ᠳᠤ ᠭᠦᠢᠴᠡᠳᠬᠡᠯ ᠦᠨ ᠤᠳᠤᠷᠢᠳᠤᠯᠭ᠎ᠠ ᠶᠢᠨ ᠲᠣᠭᠲᠠᠯᠴᠠᠭ᠎ᠠ ᠶᠢ ᠵᠥᠪ᠂ ᠰᠠᠶᠢᠨ ᠨᠡᠪᠲᠡᠷᠡᠭᠦᠯᠵᠦ᠂ ᠠᠵᠢᠯ ᠤᠨ ᠦᠷ᠎ᠡ ᠳᠦᠩᠭᠡ ᠡᠴᠡ ᠬᠠᠮᠢᠶᠠᠷᠴᠢ ᠱᠠᠲᠤᠯᠠᠨ ᠳᠡᠪᠰᠢᠬᠦ ᠵᠣᠬᠢᠴᠠᠭᠤᠯᠤᠯᠲᠠ ᠶᠢ ᠪᠣᠯᠪᠠᠰᠤᠷᠠᠩᠭᠤᠢ ᠪᠣᠯᠭᠠᠬᠤ᠂ ᠤᠯᠤᠰ ᠲᠥᠷᠥ ᠶᠢᠨ ᠬᠡᠲᠦ ᠶᠡᠬᠡ ᠨᠥᠯᠥᠭᠡᠯᠡᠯ ᠢ ᠠᠷᠢᠯᠭᠠᠬᠤ᠂ ᠵᠧᠨᠳᠡᠷ ᠦᠨ ᠨᠥᠬᠥᠴᠡᠯ ᠪᠠᠶᠢᠳᠠᠯ᠂ ᠲᠥᠷᠥ ᠶᠢᠨ ᠪᠠᠶᠢᠭᠤᠯᠤᠯᠭ᠎ᠠ ᠶᠢᠨ ᠪᠦᠲᠦᠴᠡ᠂ ᠣᠷᠣᠨ ᠲᠣᠭ᠎ᠠ ᠶᠢ ᠣᠨᠣᠪᠴᠢᠲᠠᠢ᠂ ᠦᠷ᠎ᠡ ᠠᠰᠢᠭ ᠲᠠᠢ ᠪᠠᠶᠢᠯᠭᠠᠬᠤ᠂ ᠠᠯᠪᠠᠨ ᠬᠠᠭᠠᠭᠴᠢ ᠶᠢᠨ ᠴᠠᠯᠢᠩ᠂ ᠠᠯᠪᠠᠨ ᠲᠤᠰᠢᠶᠠᠯ ᠤᠨ ᠠᠩᠭᠢᠯᠠᠯ᠂ ᠵᠡᠷᠭᠡᠯᠡᠯ ᠢ ᠨᠢᠭᠡᠳᠦᠭᠰᠡᠨ ᠵᠠᠷᠴᠢᠮ᠂ ᠪᠣᠳᠣᠯᠭ᠎ᠠ᠂ ᠠᠷᠭ᠎ᠠ ᠵᠦᠢ ᠪᠡᠷ ᠰᠢᠨᠡᠴᠢᠯᠡᠨ ᠲᠣᠳᠣᠷᠬᠠᠶᠢᠯᠠᠬᠤ ᠵᠡᠷᠭᠡ ᠠᠰᠠᠭᠤᠳᠠᠯ ᠢ ᠬᠥᠨᠳᠡᠨ ᠶᠠᠷᠢᠯᠴᠠᠭᠰᠠᠨ᠃

ᠮᠣᠩᠭᠣᠯ ᠤᠯᠤᠰ ᠤᠨ ᠲᠥᠷᠥ ᠶᠢᠨ ᠠᠯᠪᠠᠨ ᠤ ᠵᠥᠪᠯᠡᠯ ᠥᠩᠭᠡᠷᠡᠭᠰᠡᠨ ᠵᠢᠯ ᠦᠳ ᠲᠦ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠬᠥᠭᠵᠢᠯ ᠦᠨ ᠬᠥᠲᠥᠯᠪᠦᠷᠢ᠂ ᠠᠽᠢᠶ᠎ᠠ ᠶᠢᠨ ᠬᠥᠭᠵᠢᠯ ᠦᠨ ᠪᠠᠩᠬᠢ᠂ ᠺᠠᠨ ᠳᠤ᠂ ᠠᠦᠢᠰᠲᠷᠠᠯᠢᠶ᠎ᠠ᠂ ᠶᠠᠫᠣᠨ᠂ БНСУ᠂ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠯ ᠠᠴᠠ ᠠᠷᠠᠳ ᠤᠯᠤᠰ ᠤᠨ ᠲᠥᠷᠥ ᠶᠢᠨ ᠠᠯᠪᠠ᠂ ᠬᠦᠮᠦᠨ ᠦ ᠨᠥᠭᠡᠴᠡ ᠶᠢᠨ ᠠᠰᠠᠭᠤᠳᠠᠯ ᠬᠠᠷᠢᠭᠤᠴᠠᠭᠰᠠᠨ ᠪᠠᠶᠢᠭᠤᠯᠤᠯᠭ᠎ᠠ ᠨᠤᠭᠤᠳ᠂ ᠣᠯᠠᠨ ᠤᠯᠤᠰ ᠤᠨ ᠲᠥᠰᠥᠯ ᠦᠳ ᠲᠡᠢ ᠬᠠᠮᠲᠤᠷᠠᠨ ᠠᠵᠢᠯᠯᠠᠵᠤ᠂ ᠲᠣᠳᠣᠷᠬᠠᠢ ᠦᠷ᠎ᠡ ᠳᠦᠩ ᠳᠦ ᠬᠦᠷᠦᠭᠰᠡᠨ ᠲᠤᠷᠰᠢᠯᠭ᠎ᠠ ᠲᠠᠢ ᠶᠤᠮ᠃